ᠸᠸᠢ ᠭᠦᠸᠸ ᠨᠠᠨ ᠪᠠᠰᠠ᠂ ᠦᠪᠦᠷ ᠮᠤᠩᠭ᠋ᠤᠯ ᠨᠢ ᠳᠠᠯᠠ ᠨᠤᠳᠤᠭ ᠤᠨ ᠰᠤᠶᠤᠯ ᠪᠠ ᠤᠮᠠᠷᠠᠳᠤ ᠬᠢᠵᠠᠭᠠᠷ ᠤᠨ ᠦᠪᠡᠷᠮᠢᠴᠡ ᠤᠨᠴᠠᠯᠢᠭ ᠢ ᠪᠦᠷᠢᠨ ᠢᠯᠡᠷᠡᠬᠦᠯᠦᠭᠰᠡᠨ ᠠᠶᠠᠯᠠᠯ ᠵᠢᠭᠤᠯᠴᠢᠯᠠᠯ᠂ ᠠᠮᠠᠷᠠᠨ ᠰᠡᠯᠡᠬᠦᠴᠡᠬᠦ ᠰᠠᠭᠤᠷᠢᠨ ᠢ ᠪᠠᠶᠢᠭᠤᠯᠬᠤ ᠪᠡᠷ ᠳᠠᠮᠵᠢᠭᠤᠯᠤᠨ ᠠᠶᠠᠯᠠᠯ ᠵᠢᠭᠤᠯᠴᠢᠯᠠᠯ ᠤᠨ ᠦᠢᠯᠡᠰ ᠢ ᠬᠦᠭ᠍ᠵᠢᠬᠦᠯᠬᠦ ᠬᠠᠷᠠᠯᠳᠠ ᠪᠡᠨ ᠪᠡᠶᠡᠯᠡᠬᠦᠯᠦᠨᠡ᠃ ᠠᠵᠤ ᠦᠢᠯᠡᠰ ᠤᠨ ᠪᠦᠳᠦᠴᠡ ᠪᠡᠨ ᠬᠤᠪᠢᠷᠠᠭᠤᠯᠤᠨ ᠴᠢᠨᠠᠷ ᠢ ᠪᠠᠳᠤᠯᠠᠭᠰᠠᠨ ᠰᠠᠭᠤᠷᠢᠨ ᠳᠤ ᠠᠰᠢᠭ ᠤᠷᠤᠯᠭᠠ ᠪᠡᠨ ᠨᠡᠮᠡᠭᠳᠡᠬᠦᠯᠬᠦ ᠪᠠ ᠠᠶᠠᠯᠠᠯ ᠵᠢᠭᠤᠯᠴᠢᠯᠠᠯ ᠤᠨ ᠨᠡᠷᠡ ᠨᠦᠯᠦᠬᠡ ᠶᠢ ᠤᠯᠠᠮ ᠨᠡᠮᠡᠭᠳᠡᠬᠦᠯᠬᠦ ᠪᠡᠷ ᠵᠤᠷᠢᠯᠳᠠ ᠳᠠᠯᠪᠢᠨ ᠠᠵᠢᠯᠯᠠᠵᠤ᠂《ᠳᠠᠯᠠ ᠨᠤᠳᠤᠭ ᠤᠨ ᠰᠤᠶᠤᠯ᠂ ᠤᠮᠠᠷᠠᠳᠤ ᠬᠢᠵᠠᠭᠠᠷ ᠤᠨ ᠤᠨᠴᠠᠯᠢᠭ᠂ ᠠᠮᠠᠷᠠᠨ ᠰᠡᠯᠡᠬᠦᠴᠡᠬᠦ》ᠭᠤᠷᠪᠠᠨ ᠭᠤᠤᠯ ᠰᠡᠳᠦᠪ ᠢ ᠳᠤᠪᠤᠶᠢᠯᠭᠠᠨ᠂ ᠠᠶᠠᠯᠠᠯ ᠵᠢᠭᠤᠯᠴᠢᠯᠠᠯ ᠤᠨ《ᠠᠷᠪᠠᠨ ᠳᠤᠮᠤ ᠳᠦᠰᠦᠯ》 ᠢ᠋ ᠬᠡᠷᠡᠭᠵᠢᠬᠦᠯᠵᠤ᠂ ᠬᠦᠴᠦᠨ ᠪᠦᠬᠦᠢ ᠰᠢᠷᠢᠰ ᠠᠷᠭᠠ ᠬᠡᠮᠵᠢᠶᠡ ᠪᠡᠷ ᠦᠪᠦᠷ ᠮᠤᠩᠭ᠋ᠤᠯ ᠤᠨ ᠠᠶᠠᠯᠠᠯ ᠵᠢᠭᠤᠯᠴᠢᠯᠠᠯ ᠤᠨ ᠦᠢᠯᠡᠰ ᠢ ᠦᠷᠬᠦᠯᠵᠢᠯᠡᠨ ᠳᠦᠷᠬᠡᠨ ᠢᠶᠡᠷ ᠬᠦᠭ᠍ᠵᠢᠬᠦᠯᠵᠤ᠂ ᠳᠤᠮᠳᠠᠳᠤ ᠶᠢᠨ ᠤᠮᠠᠷᠠᠳᠤ ᠬᠢᠵᠠᠭᠠᠷ ᠤᠨ ᠴᠢᠬᠤᠯᠠ ᠠᠶᠠᠯᠠᠯ ᠵᠢᠭᠤᠯᠴᠢᠯᠠᠯ ᠤᠨ ᠪᠦᠰᠡ ᠶᠢ ᠪᠠᠶᠢᠭᠤᠯᠬᠤ ᠪᠤᠯᠤᠨᠠ ᠬᠡᠵᠡᠢ᠃